ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠮᠡᠨᠳᠦ ᠬᠦᠷᠭᠡᠪᠡ | ᠼᠠᠢ ᠴᠢ ᠡᠬᠢᠯᠡᠯᠲᠡ ᠶᠢᠨ ᠬᠤᠷᠠᠯ ᠳᠤ ᠣᠷᠣᠯᠴᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠬᠢᠯᠭᠠᠨ ᠮᠡᠳᠡᠭᠡ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ | ᠲᠠᠰᠢᠷᠠᠮ ᠢᠶᠠᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ 27 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ | ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠥᠷᠭᠡᠨ ᠣᠯᠠᠨ ᠪᠠᠭᠠᠴᠤᠳ ᠤᠨ ᠬᠤᠰᠢᠭᠴᠢ | ᠠᠩᠭᠢ ᠶᠢᠨ ᠭᠡᠰᠢᠭᠦᠨ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠲᠤ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠪᠠᠭᠠᠴᠤᠳ ᠬᠡᠦᠬᠡᠳ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠢᠷᠡᠭᠡᠳᠦᠢ ᠶᠢᠨ ᠪᠡᠯᠡᠳᠬᠡᠯ ᠬᠦᠴᠦᠨ ᠮᠥᠨ᠂ ᠪᠠᠭᠠᠴᠤᠳ ᠤᠨ ᠬᠤᠰᠢᠭᠤᠴᠢ ᠠᠩᠭᠢ ᠪᠣᠯ ᠪᠠᠭᠠᠴᠤᠳ ᠬᠡᠦᠬᠡᠳ ᠤᠨ | ᠡᠷᠡᠭᠦᠯ ᠢᠶᠠᠷ ᠦᠰᠦᠨ ᠪᠣᠶᠢᠵᠢᠬᠤ ᠲᠣᠮᠣ ᠰᠤᠷᠭᠠᠭᠤᠯᠢ ᠮᠥᠨ᠃ ᠰᠢᠨ᠎ᠡ ᠠᠶᠠᠨ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠪᠠᠭᠠᠴᠤᠳ ᠤᠨ ᠬᠤᠰᠢᠭᠤᠴᠢ | ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠲᠠᠭᠠᠨ ᠤᠷᠤᠭᠰᠢᠯᠠᠵᠤ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ ᠬᠥᠮᠥᠵᠢᠭᠦᠯᠬᠦ ᠦᠨᠳᠦᠰᠦᠨ | ᠡᠭᠦᠷᠭᠡ ᠶᠢᠨ ᠲᠣᠭᠤᠷᠢᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ | ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠬᠥᠮᠥᠵᠢᠭᠦᠯᠦᠨ ᠬᠥᠲᠥᠯᠥᠨ | ᠳᠠᠭᠠᠭᠤᠯᠵᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠰᠢᠷᠭᠠᠭᠤ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ | ᠦᠶ᠎ᠡ ᠶᠢᠨ ᠰᠠᠶᠢᠨ ᠪᠠᠭᠠᠴᠤᠳ ᠪᠤᠯᠬᠤ ᠬᠡᠷᠡᠭᠲᠡᠢ᠃ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ | ᠴᠢᠩᠭᠠᠳᠬᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠭᠦ ᠡᠪᠯᠡᠯ ᠢᠶᠠᠷ ᠢᠶᠠᠨ ᠪᠠᠭᠠᠴᠤᠳ ᠤᠨ ᠬᠤᠰᠢᠭᠤᠴᠢ ᠠᠩᠭᠢ ᠶᠢ | ᠳᠠᠶᠢᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ | ᠨᠥᠬᠦᠴᠡᠯ ᠢ ᠪᠦᠷᠢᠯᠳᠦᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠰ ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ | ᠨᠠᠷ ᠤᠨ ᠭᠠᠵᠠᠷ ᠤᠨ ᠱᠦᠵᠢ ᠼᠠᠢ ᠴᠢ ᠡᠭᠢᠯᠡᠯᠲᠡ ᠶᠢᠨ ᠬᠤᠷᠠᠯ ᠳᠤ ᠣᠷᠣᠯᠴᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠨᠠᠮ ᠤᠨ ᠲᠥᠪ ᠬᠤᠷᠢᠶ᠎ᠠ ᠶᠢ | ᠲᠥᠯᠥᠭᠡᠯᠡᠨ ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ | ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ᠂ ᠪᠠᠭᠠᠴᠤᠳ ᠤᠨ ᠬᠤᠰᠢᠭᠤᠴᠢ ᠠᠩᠭᠢ ᠶᠢᠨ ᠪᠠᠶᠢᠭᠤᠯᠤᠯᠲᠠ ᠶᠢ ᠳᠠᠭᠠᠭᠤᠯᠬᠤ ᠶᠢ ᠪᠠᠷᠢᠮᠲᠠᠯᠠᠵᠤ᠂ | ᠬᠡᠦᠬᠡᠳ ᠤᠨ ᠥᠰᠦᠯᠲᠡ ᠪᠤᠶᠢᠵᠢᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ | ᠪᠠᠲᠤ ᠴᠡᠭᠡᠵᠢᠯᠡᠵᠦ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ ᠳᠤᠮᠳᠠᠳᠤ ᠶᠢᠨ ᠰᠣᠶᠣᠯ ᠤᠨ ᠰᠤᠳᠠᠰᠤ ᠶᠢ ᠵᠠᠯᠭᠠᠮᠵᠢᠯᠠᠨ᠂ ᠲᠡᠮᠡᠴᠡᠯ ᠤᠨ ᠵᠣᠷᠢᠭ ᠰᠠᠨᠠᠭ᠎ᠠ ᠶᠢ | ᠵᠠᠯᠭᠠᠮᠵᠢᠯᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠲᠡᠰᠪᠦᠷᠢ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ | ᠦᠶ᠎ᠡ ᠶᠢᠨ ᠰᠠᠶᠢᠨ ᠪᠠᠭᠠᠴᠤᠳ ᠪᠤᠯᠬᠤ ᠪᠠᠷ ᠴᠢᠷᠮᠠᠶᠢᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠤᠨ ᠲᠥᠯᠥᠭᠡ ᠴᠠᠭ ᠢᠮᠠᠭᠲᠠ ᠪᠡᠯᠡᠬᠡᠨ ᠪᠠᠶᠢᠬᠤ ᠶᠢ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠦᠰᠡᠵᠦ ᠪᠠᠶᠢᠨ᠎ᠠ ᠭᠡᠵᠦ | ᠢᠯᠡᠳᠬᠡᠪᠡ᠃ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠰᠢᠦᠸᠠᠶᠢᠺᠧᠯᠠᠶᠢᠲ · | ᠵᠠᠺᠧᠯ᠂ ᠲᠥᠷᠥ ᠶᠢᠨ ᠶᠠᠪᠤᠳᠠᠯ ᠤᠨ ᠭᠡᠰᠢᠭᠦᠨ ᠱᠧᠨ ᠢ ᠴᠢᠨ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠧᠨ ᠶᠤᠸᠠᠢ ᠶᠤᠸᠠᠢ | ᠬᠤᠷᠠᠯ ᠳᠤ ᠣᠷᠣᠯᠴᠠᠪᠠ᠃ | ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ | ᠨᠢᠭᠡᠳᠦᠭᠡᠷ ᠱᠦᠵᠢ ᠠ ᠳ᠋ᠦᠩ᠂ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠸᠠᠩ ᠵᠢᠶᠠ ᠢ ᠲᠣᠰ ᠲᠣᠰ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ | ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ ᠢ ᠲᠥᠯᠥᠭᠡᠯᠡᠨ ᠦᠭᠡ ᠬᠡᠯᠡᠪᠡ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠨᠠᠮ ᠤᠨ | ᠦᠭᠡ ᠶᠢ ᠰᠣᠨᠣᠰᠬᠤ᠂ ᠨᠠᠮ ᠢᠶᠠᠨ ᠳᠠᠭᠠᠵᠤ ᠤᠷᠤᠭᠰᠢᠯᠠᠬᠤ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠳᠤᠮᠳᠠ ᠰᠤᠷᠤᠯᠴᠠᠨ | ᠦᠢᠯᠡᠳᠦᠯᠭᠡᠵᠢᠭᠦᠯᠵᠦ ᠦᠰᠦᠨ ᠪᠣᠶᠢᠵᠢᠭᠰᠠᠨ ᠦᠯᠢᠭᠡᠷ ᠢᠶᠠᠨ ᠬᠠᠷᠢᠭᠤ ᠮᠡᠳᠡᠭᠦᠯᠪᠡ᠃ ᠶᠡᠭᠡ ᠬᠤᠷᠠᠯ ᠠᠴᠠ ᠪᠦᠭᠦ ᠤᠯᠤᠰ ᠤᠨ ᠪᠠᠭᠠᠴᠤᠳ ᠤᠨ ᠬᠤᠰᠢᠭᠤᠴᠢ | ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ ᠳᠤ | ᠱᠠᠩᠨᠠᠯ ᠭᠠᠷᠳᠠᠭᠤᠯᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ | ᠪᠠᠭᠠᠴᠤᠳ ᠤᠨ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠭᠢᠯᠡᠭᠴᠢ ᠸᠠᠩ ᠢ ᠨᠠᠢᠮᠠᠳᠤᠭᠠᠷ ᠬᠤᠭᠤᠴᠠᠭᠠᠨ ᠤ ᠪᠦᠭᠦ ᠤᠯᠤᠰ ᠤᠨ ᠪᠠᠭᠠᠴᠤᠳ ᠤᠨ ᠠᠵᠢᠯ ᠤᠨ | ᠵᠥᠪᠯᠡᠯ ᠢ ᠲᠥᠯᠥᠭᠡᠯᠡᠨ ᠠᠵᠢᠯ ᠤᠨ ᠢᠯᠡᠳᠬᠡᠯ ᠬᠢᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠤᠨ ᠬᠠᠷᠢᠭᠤᠴᠠᠯᠭᠠᠲᠠᠨ᠂ | ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ | ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ᠂ | ᠪᠡᠭᠡᠵᠢᠩ ᠬᠤᠳᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ | ᠵᠢᠯᠣᠭᠤᠳᠤᠭᠴᠢ ᠶᠢᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠶᠢᠨ ᠬᠤᠷᠠᠯ ᠳᠤ ᠣᠷᠣᠯᠴᠠᠵᠠᠢ᠃ | | | |