ᠮᠠᠨ ᠤ ᠬᠤᠲᠠ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ ᠢᠦᠢ ᠬᠠᠢ ᠢᠦᠢ ᠬᠤᠷᠠᠯ ᠳᠤ ᠣᠷᠣᠯᠴᠠᠭᠰᠠᠨ ᠤ ᠬᠠᠮᠲᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/5/28
      ᠣᠶᠢᠷ᠎ᠠ ᠶᠢᠨ ᠡᠳᠦᠷ᠂ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠷᠠᠯ ᠳᠤ ᠣᠷᠣᠯᠴᠠᠭᠰᠠᠨ ᠤ ᠬᠠᠮᠲᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠨ ᠬᠤᠸᠠ ᠬᠤᠷᠠᠯ ᠢ ᠡᠷᠭᠢᠯᠡᠵᠦ᠂ ᠬᠤᠲᠠ ᠶᠢᠨ ᠳᠡᠳ᠋ ᠳᠠᠷᠤᠭ᠎ᠠ ᠼᠤᠤ ᠺᠠᠢ ᠬᠤᠩ ᠠᠵᠢᠯ ᠤᠨ ᠪᠠᠶᠢᠷᠢᠯᠠᠭᠤᠯᠤᠯᠲᠠ ᠬᠢᠵᠦ᠂ ᠬᠤᠲᠠ ᠶᠢᠨ ᠤᠳᠤᠷᠢᠳᠤᠯᠭ᠎ᠠ ᠯᠢ ᠰᠢᠨ ᠱᠤ᠋᠂ ᠵᠠᠩ ᠲᠦᠦ ᠬᠤᠷᠠᠯ ᠳᠤ ᠣᠷᠣᠯᠴᠠᠪᠠ᠃     ᠢᠦᠢ ᠬᠠᠢ ᠢᠦᠢ᠂ ᠪᠦᠬᠦ ᠬᠤᠳᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠪᠠᠲᠤᠳᠬᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠪᠠᠯ ᠪᠡᠶᠡᠯᠡᠭᠦᠯᠬᠦ ᠡᠷᠡᠰ ᠵᠣᠷᠢᠭ᠂ ᠪᠦᠬᠦ ᠲᠠᠯ᠎ᠠ ᠶᠢᠨ ᠬᠠᠷᠠᠭᠠᠰᠤ᠂ ᠠᠷᠠᠳ ᠤᠨ ᠲᠥᠯᠥᠭᠡ ᠬᠢᠬᠦ ᠤᠳᠤᠷᠢᠳᠤᠮᠵᠢ ᠪᠠᠷ ᠳᠠᠭᠤᠷᠢᠶᠠᠯ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠬᠠᠤᠯᠢ ᠪᠠᠷ ᠬᠤᠳᠠ ᠪᠠᠨ ᠵᠠᠰᠠᠬᠤ ᠶᠢ ᠳᠠᠶᠢᠴᠢᠯᠠᠨ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠬᠦ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠭᠦᠨᠵᠡᠭᠡᠢ ᠠᠬᠢᠭᠤᠯᠵᠤ᠂ ᠬᠠᠨᠳᠤᠯᠭ᠎ᠠ ᠲᠠᠢ ᠬᠦᠴᠦᠯᠡᠵᠦ ᠪᠠᠶᠢᠭᠠᠳ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠭᠢᠯᠠᠰ ᠴᠡᠭ ᠢ ᠡᠭᠦᠳᠬᠦ ᠶᠢ ᠳᠣᠪᠣᠶᠢᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠲᠦᠷᠦᠯ ᠲᠡᠮᠲᠡᠭᠲᠦ ᠶᠢ ᠳᠣᠪᠣᠶᠢᠯᠭᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠠᠮᠤᠭᠤᠯᠠᠩᠲᠤ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠬᠠᠤᠯᠢᠵᠢᠯ ᠵᠠᠰᠠᠭ ᠤᠨ ᠣᠷᠳᠣᠨ ᠤ ᠣᠨᠴᠠᠯᠢᠭᠲᠤ ᠲᠥᠷᠥᠯ ᠲᠡᠮᠲᠡᠭᠲᠦ ᠶᠢ ᠨᠠᠷᠢᠨ ᠱᠤᠭᠤᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠬᠤᠯᠠᠴᠢᠯᠠᠨ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠤᠢ ᠪᠣᠯᠭᠠᠨ᠂ ᠡᠭᠦᠳᠦᠨ ᠪᠠᠶᠢᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠭᠦᠢᠴᠡᠳ ᠨᠢᠭᠲᠠᠷᠠᠭᠤᠯᠬᠤ ᠬᠡᠷᠡᠭᠲᠡᠢ᠃ ᠪᠠᠶᠢᠩᠭᠤ ᠶᠢᠨ ᠴᠢᠨᠠᠷᠲᠠᠢ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠩᠬᠠᠷᠴᠤ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠵᠤ᠂ ᠳᠠᠭᠤᠷᠢᠶᠠᠯ ᠦᠵᠡᠭᠦᠯᠦᠨ ᠡᠭᠦᠳᠦᠨ ᠪᠠᠶᠢᠭᠤᠯᠬᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠨ᠂ ᠵᠠᠷᠢᠮ ᠬᠤᠰᠢᠭᠤ ᠲᠣᠭᠤᠷᠢᠭ᠂ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
图片1.png
 
ᠢᠷᠡᠯᠲᠡ᠄ ᠣᠷᠳᠣᠰ ᠤᠨ ᠡᠳᠦᠷ ᠤᠨ ᠰᠣᠨᠢᠨ