ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/6
     ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠣᠯᠣᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠶ᠎ᠠ︾ ᠭᠡᠬᠦ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠳᠤ ᠠᠭᠤᠯᠤᠭᠳᠠᠵᠤ ᠪᠠᠶᠢᠭ᠎ᠠ ᠦᠷᠳᠡᠭ ᠤᠨ ᠤᠳᠤᠷᠢᠳᠤᠮᠵᠢ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦᠢ ᠢᠲᠡᠭᠡᠬᠦᠢ ᠬᠢᠬᠦᠢ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠥᠮ ᠤᠨ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ︽ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ︾᠎ ᠶᠢ ᠭᠦᠨᠵᠡᠭᠡᠶᠢᠷᠡᠭᠦᠯᠵᠦ᠂ ᠴᠠᠭ ᠢᠮᠠᠭᠲᠠ ᠨᠠᠮ ᠤᠨ ᠲᠥᠪ ᠬᠤᠷᠢᠶ᠎ᠠ ᠶᠢᠨ  ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠠᠵᠢᠯ ᠠᠮᠢᠳᠤᠷᠠᠯ ᠤᠨ ᠵᠠᠷᠴᠢᠮ ᠤᠨ ᠬᠤᠷᠢᠭ᠎ᠠ ᠱᠤᠭᠤᠮ ᠢ ᠰᠠᠬᠢᠵᠤ᠂ ᠰᠤᠷᠲᠠᠯ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠤᠭᠴᠢ᠂ ᠬᠠᠮᠠᠭᠠᠯᠠᠭᠴᠢ᠂ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠤᠯᠠᠨ ᠲᠦᠮᠡᠨ ᠤ ᠰᠠᠨᠠᠯ ᠢᠶᠠᠨ ᠲᠤᠰᠬᠠᠬᠤ ᠵᠠᠮ ᠮᠥᠷ ᠢ ᠰᠠᠭᠠᠳ ᠦᠭᠡᠢ ᠨᠡᠪᠲᠡᠷᠡᠭᠦᠯᠬᠦ ᠪᠠ ᠥᠷᠭᠡᠳᠬᠡᠵᠦ᠂ ᠤᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠠᠮᠢᠳᠤᠷᠠᠯ ᠤᠨ ᠡᠯ᠎ᠡ ᠲᠦᠷᠦᠯ ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠭᠦᠨ ᠨᠠᠷ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠰᠠᠶᠢᠲᠤᠷ ᠥᠷᠨᠢᠭᠦᠯᠵᠦ᠂ ᠰᠤᠷᠤᠯᠴᠠᠬᠤ ᠶᠢᠨ ᠳᠠᠭᠠᠤ ᠪᠠᠶᠢᠴᠠᠭᠠᠨ ᠦᠵᠡᠬᠦ᠂ ᠪᠠᠶᠢᠴᠠᠭᠠᠨ ᠵᠢᠭᠰᠠᠭᠠᠬᠤ᠂ ᠬᠠᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠲᠦᠷᠦᠭᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ