ᠡᠵᠡᠨ ᠬᠤᠷᠤᠭ᠎ᠠ ᠬᠤᠰᠢᠭᠤ ᠬᠥᠳᠡᠭᠡ ᠳᠣᠰᠬᠤᠨ ᠤ ᠡᠯᠧᠺᠲᠷᠤᠨ ᠬᠤᠳᠠᠯᠳᠤᠭᠠᠨ ᠤ ᠴᠢᠳᠠᠪᠤᠷᠢᠳᠠᠨ ᠢ ᠬᠦᠮᠥᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2025/5/6
     ᠡᠵᠡᠨ ᠬᠤᠷᠤᠭ᠎ᠠ ᠬᠤᠰᠢᠭᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠ ᠠᠵᠤ ᠦᠢᠯᠡᠰ ᠢ ᠬᠦᠭᠵᠢᠭᠦᠯᠵᠦ ᠠᠷᠠᠳ ᠤᠨ ᠠᠮᠢᠳᠤᠷᠠᠯ ᠢ ᠴᠢᠨᠡᠭᠡᠯᠢᠭᠵᠢᠭᠦᠯᠬᠦ ᠬᠠᠷᠠᠯᠲᠠ ᠳᠤ ᠠᠩᠬᠠᠷᠤᠯ ᠢᠶᠠᠨ ᠲᠦᠪᠯᠡᠷᠠᠭᠦᠯᠵᠦ᠂ ᠨᠢᠭᠡ ᠪᠦᠯᠤᠭ᠌ ᠬᠥᠳᠡᠭᠡ ᠠᠵᠤ ᠠᠬᠤᠢ ᠶᠢ ᠦᠢᠯᠠᠭᠠᠵᠤ᠂ ᠬᠦᠳᠡᠭᠡ ᠲᠣᠰᠬᠤᠨ ᠢ ᠬᠠᠶᠢᠷᠠᠯᠠᠳᠠᠭ ᠣᠷᠣᠨ ᠨᠤᠳᠤᠭ ᠤᠨ ᠴᠢᠳᠡᠪᠤᠷᠢᠳᠡᠨ ᠢ ᠢᠳᠡᠪᠬᠢᠲᠡᠢ ᠬᠥᠮᠤᠵᠢᠭᠦᠯᠵᠦ᠂ ᠬᠦᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠰ ᠤᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠤᠨ᠂ ᠨᠤᠳᠤᠭ ᠤᠨ ᠰᠢᠯᠢᠳᠡᠭ ᠣᠨᠴᠠ ᠭᠠᠷᠤᠯᠲᠠ ᠶᠢ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠦᠲᠣᠮᠵᠢᠲᠡᠢ ᠲᠠᠶᠢᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠠ ᠬᠦᠳᠡᠯᠭᠡᠬᠦ ᠬᠦᠴᠣᠨ ᠢ ᠨᠡᠮᠡᠷᠢᠯᠡᠵᠦ ᠪᠠᠶᠢᠨ᠎ᠠ᠃ ᠲᠦᠷᠤᠭᠦᠭᠡᠨ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠡᠰ ᠨᠢ ᠬᠤᠰᠢᠭᠤᠨ ᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠬᠦᠭᠵᠢᠯᠲᠡ ᠶᠢᠨ ᠲᠥᠪ ᠲᠠᠢ ᠬᠠᠮᠳᠤᠷᠠᠨ ᠲᠣᠰᠬᠤᠨ ᠳᠤ ᠰᠠᠭᠤᠭ᠎ᠠ ᠨᠢᠭᠡᠳᠤᠭᠡᠷ ᠱᠦᠵᠢ᠂ ᠲᠣᠰᠬᠤᠨ ᠤ ︽ᠬᠤᠶᠠᠷ ᠵᠥᠪᠯᠡᠯ︾ ᠵᠢᠴᠢ ᠮᠠᠯᠴᠢᠨ ᠲᠠᠷᠢᠶᠠᠴᠢᠨ ᠤ ᠡᠯᠧᠺᠲᠷᠣᠨ ᠬᠤᠲᠠᠯᠳᠤᠭᠠᠨ ᠤ ᠴᠢᠳᠠᠪᠤᠷᠢᠳᠠᠨ ᠤ ᠪᠣᠯᠪᠡᠰᠣᠷᠠᠯ ᠢ ᠡᠷᠬᠢᠯᠠᠵᠤ᠂ ᠲᠤᠰᠬᠤᠨ ᠳᠤ ᠰᠠᠭᠤᠭ᠎ᠠ 70 ᠨᠠᠷᠠᠰ ᠨᠢᠭᠡᠳᠦᠭᠡᠷ ᠱᠦᠵᠢ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾᠎ ᠤᠨ ᠪᠦᠷᠢᠯᠳᠦᠭᠦᠨ ᠵᠢᠴᠢ ᠮᠠᠯᠴᠢᠨ ᠲᠠᠷᠢᠶᠠᠴᠢᠨ ᠤ ᠲᠦᠯᠥᠭᠡᠯᠡᠭᠴᠢᠳ ᠲᠣᠭᠠᠴᠢᠯᠠᠭᠰᠠᠨ ᠡᠯᠧᠺᠲᠷᠣᠨ ᠬᠤᠲᠠᠯᠳᠤᠭᠠᠨ ᠤ ᠠᠵᠤ ᠦᠢᠯᠡᠰ ᠤᠨ ᠬᠦᠷᠢᠶᠡᠯᠠᠩ ᠲᠣᠭᠤᠷᠢᠭ ᠲᠤ ᠨᠢᠭᠡᠨ ᠤᠳᠠᠭᠠᠨ ᠤ ᠰᠢᠰᠲ᠋ᠧᠮᠵᠢᠭᠦᠯᠦᠭᠰᠡᠨ ᠬᠦᠮᠤᠵᠢᠯ ᠪᠣᠯᠪᠡᠰᠤᠷᠠᠯ ᠬᠦᠷᠳᠡᠭᠰᠡᠨ ᠪᠠᠶᠢᠨ᠎ᠠ᠃     ᠪᠣᠯᠪᠡᠰᠤᠷᠠᠯ ᠨᠢ ᠵᠣᠬᠢᠶᠡᠮᠠᠯ ᠣᠶᠣᠨᠴᠢ ᠮᠡᠷᠭᠡᠵᠢᠯ ᠤᠨ ᠰᠢᠭᠤᠳ ᠨᠡᠪᠳᠡᠷᠡᠭᠦᠯᠭᠡ ᠶᠢᠨ ᠳᠡᠯᠡᠪᠤᠷ ᠲᠠᠬᠢ ᠰᠢᠨ᠎ᠡ ᠶᠢ ᠡᠭᠦᠳᠬᠦ ᠬᠡᠷᠡᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠣᠨᠴᠢ ᠪᠦᠲᠦᠭᠡᠭᠳᠡᠭᠦᠨ ᠰᠤᠩᠭᠤᠬᠤ ᠰᠢᠰᠲ᠋ᠧᠮ ᠤᠨ ᠵᠠᠳᠠᠯᠤᠯᠲᠠ ᠵᠡᠷᠭᠡ ᠬᠢᠴᠢᠶᠡᠯ ᠢᠶᠠᠷ ᠳᠡᠮᠵᠢᠭᠤᠯᠤᠨ ︽DeepSeek + AI︾ ᠮᠡᠷᠭᠡᠵᠢᠯ ᠢ ᠬᠡᠷᠬᠢᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠳᠡᠷᠡᠭᠦᠯᠭᠡ ᠳᠤ ᠠᠰᠢᠭᠯᠠᠬᠤ ᠵᠡᠷᠭᠡ ᠰᠢᠨ᠎ᠡ ᠮᠡᠳᠡᠯᠭᠡ ᠶᠢ ᠡᠵᠡᠮᠰᠢᠭᠦᠯᠦᠭᠰᠡᠨ ᠪᠠᠶᠢᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ