ᠯᠢ ᠴᠢᠶᠠᠩ ᠼᠠᠢ ᠴᠢ ᠬᠤᠷᠠᠯ ᠳᠤ ᠣᠷᠣᠯᠴᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 30 ᠤ ᠴᠠᠬᠢᠯᠭᠠᠨ ᠮᠡᠳᠡᠭᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠦᠨ᠎ᠡ ᠱᠠᠩᠬᠠᠢ ᠳᠤ ᠬᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ | ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ | ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠱᠠᠯᠠᠪᠳᠠᠨ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ | ᠪᠣᠳᠣᠯᠭ᠎ᠠ ᠶᠢᠨ ᠭᠤᠣᠯᠳᠠᠯᠭ᠎ᠠ ᠶᠢ ᠡᠵᠡᠮᠳᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠤᠬᠠᠭᠠᠯᠠᠨ ᠲᠥᠯᠥᠪᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | | | 4 ᠰᠠᠷ᠎ᠠ ᠶᠢᠨ 30 ᠤ ᠦᠳᠡ ᠶᠢᠨ ᠡᠮᠦᠨ᠎ᠡ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠰᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠬᠠᠢ ᠳᠤ ᠬᠡᠰᠡᠭ ᠮᠤᠵᠢ ᠣᠷᠣᠨ ᠬᠤᠳᠠ ᠶᠢᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠵᠢ ᠰᠦᠨ ᠱᠤᠤ ᠴᠧᠩ᠂ ᠱᠠᠩᠬᠠᠢ | ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠢ ᠨᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠬᠤᠤ᠂ ᠬᠤᠪᠧᠢ ᠮᠤᠵᠢ ᠶᠢᠨ | ᠨᠠᠮ ᠤᠨ ᠬᠤᠷᠢᠶ᠎ᠠ ᠶᠢᠨ ᠰᠦᠵᠢ ᠸᠠᠩ ᠵᠦᠩ ᠯᠢᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ᠂ ᠰᠧᠴᠤᠸᠠᠨ ᠮᠤᠵᠢ ᠶᠢᠨ | ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤ᠋ ᠴᠠᠩ ᠱᠧᠩ ᠤᠷᠢᠳ ᠬᠤᠵᠢᠳ ᠦᠭᠡ ᠬᠡᠯᠡᠵᠦ᠂ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠣᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ | ᠪᠣᠯᠬᠤ ᠪᠥᠭᠡᠳ ᠲᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ ᠪᠣᠯᠣᠨ᠎ᠠ᠃ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠬᠠᠭᠠᠯᠠᠨ ᠲᠥᠯᠥᠪᠯᠡᠬᠦ ᠳᠤ ᠡᠷᠬᠡᠪᠰᠢ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠳᠡᠵᠦ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ | ᠵᠢᠷᠤᠮᠲᠤ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠬᠦᠷᠢᠶ᠎ᠡ ᠴᠠᠷᠠᠭ᠎ᠠ ᠳᠠᠷᠠᠭᠠᠯᠠᠨ ᠬᠠᠷᠠᠯᠲᠠ | ᠡᠭᠦᠷᠭᠡ ᠶᠢ ᠵᠦᠢ ᠵᠣᠬᠢᠰᠲᠠᠢ ᠲᠣᠭᠲᠠᠭᠠᠵᠤ᠂ ᠰᠡᠳᠬᠢᠮᠵᠢ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠡᠯ᠎ᠡ ᠲᠠᠯ᠎ᠠ ᠶᠢᠨ ᠬᠠᠷᠠᠯᠲᠠ ᠡᠭᠦᠷᠭᠡ ᠶᠢ ᠭᠦᠨᠵᠡᠭᠡᠢ ᠵᠠᠳᠠᠯᠤᠨ | ᠨᠤᠲᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠲᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ | ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠵᠠᠩᠭᠢᠯᠠᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠡᠷᠴᠢᠮ | ᠪᠣᠯᠣᠨ ᠠᠬᠢᠴᠠ ᠶᠢ ᠰᠠᠶᠢᠲᠤᠷ ᠡᠵᠡᠮᠳᠡᠵᠦ᠂ ᠳᠠᠪᠠᠭᠤᠯᠢᠭ ᠢᠶᠠᠨ ᠪᠠᠬᠢᠵᠢᠭᠦᠯᠦᠨ ᠥᠷᠭᠡᠳᠬᠡᠬᠦ᠂ ᠪᠣᠭᠤᠮᠢ ᠲᠦᠭᠵᠢᠷᠡᠯ ᠢ ᠰᠢᠪᠲᠤᠯᠬᠤ᠂ ᠳᠤᠲᠠᠭᠤᠳᠠᠯ ᠪᠠᠭᠤᠷᠠᠢ | ᠲᠠᠯ᠎ᠠ ᠪᠠᠨ ᠨᠥᠬᠦᠪᠦᠷᠢᠯᠡᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠠᠴᠢᠯᠠᠵᠤ᠂ ᠪᠦᠬᠦᠯᠢ ᠴᠣᠭᠴᠠ ᠶᠢᠨ ᠬᠠᠷᠠᠯᠲᠠ ᠶᠢᠨ ᠴᠢᠭᠯᠡᠯ ᠲᠠᠢ ᠨᠢᠭᠡᠳᠦᠯᠲᠡᠢ | ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠳ ᠬᠥᠭᠵᠢᠯᠲᠡ ᠶᠢ | ᠲᠥᠯᠥᠪᠵᠢᠭᠦᠯᠬᠦ ᠳᠤ᠂ ᠳᠡᠯᠡᠬᠡᠢ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠠᠴᠠ ᠮᠠᠨ ᠤ ᠤᠯᠤᠰ ᠲᠤ ᠦᠵᠡᠭᠦᠯᠭᠦ ᠨᠥᠯᠥᠭᠡ ᠶᠢ ᠪᠠᠷᠡᠯᠡᠯᠲᠤ ᠴᠢᠨᠠᠷᠲᠠᠢ ᠪᠠᠷ | ᠡᠵᠡᠮᠳᠡᠵᠦ᠂ ᠬᠠᠨᠳᠤᠰᠢ ᠶᠢ ᠦᠨᠳᠦᠰᠦᠯᠡᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠡᠶᠢᠰᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ ᠥᠪᠡᠷ ᠤᠨ | ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠭᠤᠶᠢᠪᠢᠰᠢ ᠦᠭᠡᠢ ᠥᠷᠭᠡᠳᠬᠡᠵᠦ᠂ ᠣᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠢ ᠪᠦᠲᠦᠮᠵᠢᠲᠠᠢ ᠲᠣᠭᠲᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠨᠡᠩ ᠴᠢᠬᠤᠯᠠᠴᠢᠯᠠᠵᠤ᠂ ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠪᠦᠬᠦ ᠲᠠᠯ᠎ᠠ ᠪᠠᠷ | ᠪᠣᠳᠣᠯᠬᠢᠯᠠᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ ᠥᠨᠳᠥᠷ | ᠪᠦᠳᠦᠮᠵᠢᠲᠡᠢ ᠵᠠᠰᠠᠯᠲᠠ ᠪᠠᠷ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯᠴᠠᠯ ᠢ ᠠᠬᠢᠭᠤᠯᠵᠤ᠂ ᠰᠢᠨ᠎ᠡ | ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠨᠡᠩ ᠲᠣᠪᠣᠶᠢᠮ᠎ᠠ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠢᠳᠡᠪᠬᠢᠲᠡᠢ ᠬᠥᠭᠵᠢᠭᠦᠯᠬᠦ᠂ ᠢᠷᠡᠭᠡᠳᠦᠢ ᠶᠢᠨ ᠠᠵᠤ ᠦᠶᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠬᠡᠨ ᠪᠠᠶᠢᠭᠤᠯᠬᠤ ᠬᠡᠷᠡᠭᠲᠡᠢ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠠᠩᠬᠠᠷᠤᠯ ᠢᠶᠠᠨ | ᠬᠠᠨᠳᠤᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ᠂ ᠤᠤᠭᠠᠯ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠤᠯᠬᠤ ᠬᠡᠷᠡᠭᠲᠡᠢ᠃ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠨᠡᠶᠢᠭᠡᠮ ᠵᠢᠷᠤᠮᠲᠤ | ᠣᠳᠣᠬᠢᠴᠢᠯᠠᠯᠲᠠ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ | ᠲᠥᠯᠥᠪᠵᠢᠭᠦᠯᠬᠦ ᠳᠤ ᠤᠭ ᠰᠠᠨᠠᠭ᠎ᠠ ᠪᠠᠨ ᠦᠯᠤ ᠮᠠᠷᠲᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠦᠨ ᠦᠷᠳᠡᠭ ᠤᠳ ᠬᠠᠨᠳᠤᠰᠢ ᠪᠣᠯᠭᠠᠵᠤ᠂ | ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ᠃ | ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠪᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠪᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠲᠦᠷᠭᠡᠳᠬᠡᠬᠦ ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠬᠤᠳᠠ ᠬᠥᠳᠡᠭᠡ ᠶᠢᠨ ᠤᠯᠠᠨ ᠲᠦᠮᠡᠨ ᠤ ᠤᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠨᠢᠭᠡ ᠪᠦᠯᠦᠭ ᠲᠡᠩᠴᠡᠭᠦᠷᠢᠲᠦ ᠴᠢᠨᠠᠷ ᠪᠣᠯᠣᠮᠵᠢᠲᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠳᠤ ᠬᠤᠯᠪᠣᠭᠳᠠᠬᠤ ᠤᠴᠢᠷ ᠶᠠᠪᠤᠳᠠᠯ ᠤᠨ ᠵᠠᠩᠭᠢᠯᠠᠭ᠎ᠠ ᠨᠢ ᠦᠨᠡᠨ ᠪᠣᠳᠠᠲᠠᠢ ᠬᠢᠬᠦ ᠳᠤ ᠪᠠᠶᠢᠵᠤ᠂ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠦᠨᠡᠨ ᠪᠣᠳᠠᠲᠠᠢ᠂ ᠪᠣᠳᠠᠲᠤ ᠦᠷ᠎ᠡ ᠪᠦᠲᠦᠮᠵᠢ ᠲᠠᠢ ᠪᠠᠶᠢᠵᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ | ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠭᠠᠵᠠᠷ ᠣᠷᠣᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠲᠥᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠦ᠂ ᠲᠥᠯᠦᠪᠵᠢᠭᠦᠯᠭᠡ ᠶᠢ ᠵᠣᠯᠭᠠᠭᠤᠯᠬᠤ ᠶᠢ | ᠴᠢᠩᠭᠠᠳᠬᠠᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠰᠡᠳᠬᠢᠮᠵᠢ ᠪᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ | ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠬᠦ ᠶᠢ ᠴᠢᠬᠤᠯᠠᠴᠢᠯᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠾᠧ ᠯᠢ ᠹᠧᠩ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠬᠤᠯᠪᠣᠭᠳᠠᠯ ᠪᠦᠬᠦᠢ ᠮᠤᠵᠢ ᠣᠷᠣᠨ ᠬᠤᠳᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | |