ᠣᠶᠢᠷ᠎ᠠ ᠳᠤ᠂ ᠤᠯᠤᠰ ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ︽ᠬᠠᠲᠤᠨ ᠭᠤᠣᠯ ᠤᠨ ᠳᠣᠬᠤᠢ ᠶᠢᠨ ᠰᠢᠪᠠᠷ | ᠰᠢᠷᠣᠢ ᠶᠢᠨ ᠭᠤᠣᠯ ᠳᠤ ᠤᠷᠤᠰᠤᠨ ᠣᠷᠣᠬᠤ ᠬᠡᠰᠡᠭ ᠢ ᠰᠢᠰᠲ᠋ᠧᠮ ᠲᠠᠢ ᠵᠠᠰᠠᠬᠤ ᠪᠠ ᠠᠮᠢ ᠠᠬᠤᠢ ᠶᠢᠨ ᠴᠢᠳᠠᠮᠵᠢ ᠶᠢ ᠳᠡᠭᠡᠭᠰᠢᠯᠡᠭᠦᠯᠬᠦ ᠮᠡᠷᠭᠡᠵᠢᠯ ᠬᠢᠭᠡᠳ | ᠳᠠᠭᠤᠷᠢᠶᠠᠯ ᠦᠵᠡᠭᠦᠯᠦᠯᠲᠡ︾ ᠶᠢ ᠮᠠᠨ ᠤ ᠬᠤᠲᠠ ᠳᠤ ᠡᠬᠢᠯᠡᠨ ᠬᠡᠷᠡᠭᠵᠢᠭᠦᠯᠪᠡ᠃ ᠲᠣᠰ ᠲᠥᠷᠥᠯ ᠵᠦᠢᠯ ᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠳᠡᠯᠡᠬᠡᠢ ᠶᠢᠨ ᠪᠥᠮᠪᠥᠷᠴᠡᠭ ᠤᠨ ᠣᠷᠴᠢᠨ ᠠᠬᠤᠢ ᠶᠢᠨ ᠰᠤᠳᠤᠯᠭᠠᠨ ᠤ ᠭᠠᠵᠠᠷ ᠠᠴᠠ ᠲᠦᠷᠦᠭᠦᠯᠡᠨ᠂ ᠴᠢᠩᠬᠤᠸᠠ ᠶᠡᠭᠡ ᠰᠤᠷᠭᠠᠭᠤᠯᠢ᠂ ᠦᠬᠠᠨ | ᠶᠡᠭᠡ ᠰᠤᠷᠭᠠᠭᠤᠯᠢ᠂ ᠳᠤᠮᠳᠠᠳᠤ ᠤᠯᠤᠰ ᠤᠨ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠣᠷᠳᠣᠰ ᠬᠤᠲᠠ ᠶᠢᠨ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠵᠡᠷᠭᠡ 9 ᠨᠢᠭᠡᠴᠢ ᠲᠠᠢ ᠬᠠᠮᠲᠤᠷᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠤᠰ ᠤᠨ ᠬᠡᠷᠡᠭᠯᠡᠭᠡᠨ ᠤ | ᠳᠠᠭᠤᠷᠢᠶᠠᠯ ᠦᠵᠡᠭᠦᠯᠬᠦ ᠲᠥᠷᠥᠯ ᠤᠨ ᠲᠥᠷᠥᠯ ᠵᠦᠢᠯ ᠪᠣᠯᠤᠭᠰᠠᠨ ᠤ ᠬᠤᠪᠢ ᠳᠤ᠂ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2890 | ᠲᠦᠮᠡᠨ ᠲᠥᠭᠦᠷᠢᠭ ᠬᠦᠷᠴᠦ᠂ 2028 ᠣᠨ ᠤ ᠡᠴᠦᠰ ᠲᠤ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ | | | | | ᠲᠥᠷᠥᠯ ᠵᠦᠢᠯ ᠨᠢ ᠳᠠᠯᠠᠳ ᠬᠤᠰᠢᠭᠤᠨ ᠤ ᠬᠠᠷᠠᠢ ᠭᠤᠤ ᠪᠠᠷ ᠬᠡᠷᠡᠭᠯᠡᠭᠡᠨ ᠤ ᠳᠠᠭᠤᠷᠢᠶᠠᠯ ᠦᠵᠡᠭᠦᠯᠬᠦ ᠠᠬᠤᠢ ᠲᠠᠯᠠᠪᠤᠷ ᠪᠣᠯᠭᠠᠪᠠ᠃ ᠬᠠᠲᠤᠨ ᠭᠤᠣᠯ ᠤᠨ | ᠳᠣᠬᠤᠢ ᠶᠢᠨ ᠰᠢᠪᠠᠷ ᠰᠢᠷᠣᠢ ᠶᠢᠨ ᠭᠤᠣᠯ ᠳᠤ ᠤᠷᠤᠰᠤᠨ ᠣᠷᠣᠬᠤ ᠬᠡᠰᠡᠭ ᠤᠨ ᠡᠯᠡᠰᠦᠨ ᠰᠢᠭᠤᠷᠭ᠎ᠠ ᠠᠴᠠ ᠪᠣᠯᠣᠭᠰᠠᠨ ᠡᠯᠡᠰᠦ ᠰᠢᠪᠠᠷ ᠬᠠᠲᠤᠨ ᠭᠤᠣᠯ ᠳᠤ | ᠤᠷᠤᠰᠤᠨ ᠣᠷᠣᠵᠤ ᠭᠤᠣᠯ ᠤᠨ ᠤᠷᠤᠰᠬᠠᠯ ᠵᠠᠮ ᠢ ᠪᠥᠭᠯᠡᠬᠦ᠂ ᠵᠣᠬᠢᠶᠠᠮᠠᠯ ᠠᠮᠢ ᠠᠬᠤᠢ ᠶᠢᠨ ᠰᠢᠰᠲ᠋ᠧᠮ ᠲᠣᠭᠲᠠᠭᠤᠨ ᠪᠤᠰᠤ᠂ ᠠᠮᠢ ᠠᠬᠤᠢ ᠶᠢᠨ ᠴᠢᠳᠠᠮᠵᠢ | ᠬᠡᠪᠡᠷᠡᠭ ᠵᠡᠷᠭᠡ ᠠᠰᠠᠭᠤᠳᠠᠯ ᠳᠤ ᠭᠤᠣᠯᠳᠠᠯᠭ᠎ᠠ ᠲᠠᠢ ᠴᠢᠭᠯᠡᠭᠦᠯᠦᠨ᠂ ᠡᠯᠡᠰᠦᠨ ᠰᠢᠭᠤᠷᠭ᠎ᠠ ᠰᠢᠪᠠᠷ ᠰᠢᠷᠣᠢ ᠬᠠᠲᠤᠨ ᠭᠤᠣᠯ ᠳᠤ ᠤᠷᠤᠰᠤᠨ ᠣᠷᠣᠬᠤ ᠦᠶ᠎ᠡ ᠳᠤ ︽ | ᠭᠠᠵᠠᠷ ᠳᠡᠭᠡᠷᠡᠬᠢ ᠭᠤᠣᠯ︾ ᠳᠤ ᠦᠵᠡᠭᠦᠯᠬᠦ ᠭᠠᠮᠰᠢᠭ ᠤᠨ ᠬᠤᠷᠠᠮᠳᠤᠯ ᠦᠢᠯᠡᠳᠦᠯ᠂ ᠲᠣᠬᠤᠢ ᠶᠢᠨ ᠬᠡᠰᠡᠭ ᠤᠨ ᠬᠡᠷᠡᠭᠰᠡᠬᠦ ᠤᠰᠤᠨ ᠤ ᠬᠡᠮᠵᠢᠶ᠎ᠡ ᠵᠢᠴᠢ ᠭᠠᠳᠠᠭᠰᠢ | ᠲᠣᠬᠢᠷᠠᠭᠤᠯᠬᠤ ᠤᠰᠤᠨ ᠤ ᠬᠡᠮᠵᠢᠶ᠎ᠡ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠠᠯᠳᠠ ᠬᠦᠴᠦᠨ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠲᠦᠷᠦᠯ | ᠵᠦᠢᠯ ᠨᠢ ᠤᠰᠤ᠂ ᠡᠯᠡᠰᠦ᠂ ᠲᠠᠷᠢᠮᠠᠯ᠂ ᠲᠡᠵᠢᠭᠡᠭᠡᠪᠦᠷᠢ᠂ ᠡᠨᠧᠷᠭᠢ ᠵᠡᠷᠭᠡ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠲᠥᠪᠯᠡᠷᠡᠭᠦᠯᠦᠨ ᠬᠤᠪᠢᠷᠠᠭᠤᠯᠵᠤ᠂ ᠬᠠᠷᠠᠢ ᠭᠤᠤ ᠶᠢᠨ ︽ᠬᠥᠨᠳᠡᠢ︾ ᠶᠢᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠨᠡᠶᠢᠯᠡᠮᠡᠯ | ᠰᠢᠰᠲ᠋ᠧᠮ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ᠂ ᠣᠷᠣᠨ ᠵᠠᠢ ᠶᠢᠨ ᠪᠠᠶᠢᠷᠢᠰᠢᠯ ᠢ ᠲᠣᠬᠢᠷᠠᠭᠤᠯᠬᠤ ᠪᠠ ᠮᠡᠷᠭᠡᠵᠢᠯ ᠢ ᠲᠥᠪᠯᠡᠷᠡᠭᠦᠯᠦᠨ ᠳᠠᠭᠤᠷᠢᠶᠠᠯ ᠦᠵᠡᠭᠦᠯᠬᠦ ᠶᠢ | ᠠᠬᠢᠭᠤᠯᠵᠤ᠂ ᠳᠡᠯᠡᠬᠡᠢ ᠶᠢᠨ ᠲᠡᠷᠢᠭᠦᠨ ᠤ ᠲᠦᠮᠡᠨ ᠮᠦ ᠶᠢᠨ ᠲᠡᠰ ᠤᠨ ᠳᠠᠭᠤᠷᠢᠶᠠᠯ ᠦᠵᠡᠭᠦᠯᠬᠦ ᠣᠷᠣᠨ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠵᠠᠰᠠᠯᠲᠠ ᠶᠢᠨ︽ᠦᠯᠢᠭᠡᠷ ᠳᠠᠭᠤᠷᠢᠶᠠᠯ ᠪᠦᠬᠦᠢ ᠠᠮᠢ ᠠᠬᠤᠢ ᠶᠢᠨ ᠭᠤᠣᠯ ᠤᠨ ᠵᠠᠮ︾ ᠢ ᠴᠢᠨᠠᠷ ᠰᠠᠶᠢᠲᠠᠢ ᠪᠠᠶᠢᠭᠤᠯᠤᠨ᠎ᠠ᠃ | | | | | ᠲᠦᠷᠦᠯ ᠵᠦᠢᠯ ᠨᠢ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ᠂ ᠳᠤᠮᠳᠠᠳᠤ ᠤᠯᠤᠰ ᠤᠨ 21 ᠳ᠋ᠦ᠋ᠭᠡᠷ ᠵᠠᠭᠤᠨ ᠤ ᠵᠥᠪᠯᠡᠬᠦ ᠵᠦᠢᠯ ᠤᠨ | ᠬᠠᠮᠢᠶᠠᠷᠤᠯᠲᠠ ᠶᠢᠨ ᠲᠥᠪ ᠠᠴᠠ ᠮᠠᠨ ᠤ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ | ᠦᠵᠡᠭᠦᠯᠬᠦ ᠣᠷᠣᠨ ᠪᠠᠶᠢᠭᠤᠯᠬᠤ ᠶᠢ ᠳᠡᠮᠵᠢᠬᠦ ᠪᠠᠰᠠ ᠨᠢᠭᠡᠨ ᠴᠢᠬᠤᠯᠠ ᠶᠡᠭᠡ ᠲᠦᠷᠦᠯ ᠵᠦᠢᠯ ᠪᠣᠯᠣᠨ᠎ᠠ᠃ ᠳᠠᠭᠤᠷᠢᠶᠠᠯ ᠦᠵᠡᠭᠦᠯᠬᠦ ᠣᠷᠣᠨ ᠢ ᠪᠠᠶᠢᠭᠤᠯᠬᠤ ᠶᠢ | ᠴᠣᠬᠤᠯᠠᠪᠤᠷᠢᠯᠠᠭᠰᠠᠨ ᠠᠴᠠ ᠨᠠᠰᠢ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ ᠢᠳᠡᠪᠬᠢᠲᠡᠢ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ 313 | ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠮᠵᠢᠯᠭᠡ ᠶᠢᠨ ᠪᠡᠯᠡ ᠮᠥᠩᠭᠦ ᠨᠢ | 6.7 ᠳ᠋ᠦᠩᠰᠢᠭᠤᠷ ᠲᠥᠭᠦᠷᠢᠭ ᠲᠤ ᠬᠥᠷᠪᠡ᠃ ᠡᠭᠦᠨ ᠳᠤ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠢ 3 ᠵᠦᠢᠯ | ᠬᠡᠷᠡᠭᠵᠢᠭᠦᠯᠵᠦ᠂ 0.6 ᠳ᠋ᠦᠩᠰᠢᠭᠤᠷ ᠲᠥᠭᠦᠷᠢᠭ ᠤᠨ ᠵᠠᠷᠤᠳᠠᠯ ᠢ ᠵᠥᠪᠰᠢᠶᠡᠷᠡᠭᠦᠯᠪᠡ︔ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ | ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠥᠷᠥᠯ ᠵᠦᠢᠯ ᠢ 70 ᠵᠦᠢᠯ ᠬᠡᠷᠡᠭᠵᠢᠭᠦᠯᠵᠦ᠂ | ᠨᠡᠶᠢᠲᠡ 11.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠯᠢ ᠣᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠪᠠ᠃ | | | | | | ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠳᠠᠭᠤᠷᠢᠶᠠᠯ ᠦᠵᠡᠭᠦᠯᠬᠦ ᠣᠷᠣᠨ ᠪᠦᠰᠡ ᠶᠢᠨ ᠳᠣᠲᠣᠷᠠᠬᠢ ᠬᠠᠲᠤᠨ ᠭᠤᠣᠯ ᠳᠤ ᠤᠷᠤᠰᠤᠨ ᠣᠷᠣᠬᠤ | ᠡᠯᠡᠰᠦ ᠰᠢᠪᠠᠷ ᠤᠨ ᠬᠡᠮᠵᠢᠶ᠎ᠡ ᠨᠢ ᠵᠢᠱᠢᠯᠲᠡ ᠪᠠᠷ 50% ᠠᠴᠠ ᠳᠡᠭᠡᠭᠰᠢ ᠪᠠᠭᠠᠰᠴᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠣᠷᠮ᠎ᠠ ᠶᠢᠨ ᠨᠡᠮᠡᠭᠳᠡᠯ ᠤᠨ | ᠬᠡᠮᠵᠢᠶ᠎ᠡ ᠨᠢ ᠵᠢᠱᠢᠯᠲᠡ ᠪᠠᠷ 30% ᠠᠴᠠ ᠳᠡᠭᠡᠭᠰᠢ ᠬᠦᠷᠴᠦ᠂ ᠣᠶ ᠰᠢᠭᠤᠢ ᠵᠢᠮᠢᠰ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠡᠮᠵᠢᠶ᠎ᠡ ᠨᠢ ᠵᠢᠱᠢᠯᠲᠡ ᠪᠠᠷ 20% ᠠᠴᠠ ᠳᠡᠭᠡᠭᠰᠢ ᠬᠦᠷᠴᠦ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠦᠷᠭᠦᠯᠵᠢᠯᠡᠨ | ᠰᠠᠶᠢᠵᠢᠷᠠᠬᠤ ᠶᠢ ᠢᠳᠡᠪᠬᠢᠲᠡᠢ ᠠᠬᠢᠭᠤᠯᠵᠤ᠂ ᠬᠠᠲᠤᠨ ᠭᠤᠣᠯ ᠤᠨ ᠳᠣᠬᠤᠢ ᠶᠢᠨ ᠪᠣᠭᠤᠮᠲᠠ ᠶᠢᠨ ᠰᠢᠪᠲᠤᠯᠤᠯᠲᠠ ᠶᠢᠨ ᠲᠡᠶᠢᠨ ᠤ ᠢᠯᠠᠯᠲᠠ ᠶᠢ ᠣᠯᠬᠤ ᠳᠤ ᠰᠢᠪᠠᠷ | ᠰᠢᠷᠣᠢ ᠶᠢᠨ ᠬᠠᠲᠤᠨ ᠭᠤᠣᠯ ᠳᠤ ᠤᠷᠤᠰᠤᠨ ᠣᠷᠣᠬᠤ ᠬᠡᠰᠡᠭ ᠤᠨ ᠰᠢᠰᠲ᠋ᠧᠮ ᠲᠠᠢ ᠵᠠᠰᠠᠯᠲᠠ ᠶᠢᠨ ᠬᠡᠪ ᠵᠠᠭᠪᠤᠷ ᠪᠣᠯᠬᠤ ᠪᠣᠯᠣᠨ᠎ᠠ᠃ | | | | | | | |