ᠢᠦᠢ ᠬᠠᠢ ᠢᠦᠢ ᠳᠠᠯᠠᠳ ᠬᠤᠰᠢᠭᠤ ᠬᠠᠩᠭᠢᠨ ᠬᠤᠰᠢᠭᠤ ᠣᠲᠤᠭ ᠬᠤᠰᠢᠭᠤᠨ ᠳᠤ ᠭᠦᠨᠵᠡᠭᠡᠶᠢᠷᠡᠨ ᠬᠠᠲᠤᠨ ᠭᠤᠣᠯ ᠢ ᠬᠠᠮᠠᠭᠠᠯᠠᠵᠤ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/8
     5 ᠰᠠᠷ᠎ᠠ ᠶᠢᠨ 5᠎ ᠤ ᠡᠳᠦᠷ ᠠᠴᠠ 6᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠠᠲᠤᠨ ᠭᠤᠣᠯ ᠤᠨ ᠳᠠᠯᠠᠳ ᠬᠤᠰᠢᠭᠤ᠂ ᠬᠠᠩᠭᠢᠨ ᠬᠤᠰᠢᠭᠤ᠂ ᠣᠲᠤᠭ ᠬᠤᠰᠢᠭᠤᠨ ᠤ ᠬᠡᠰᠡᠭ ᠤᠨ ᠡᠷᠭᠢ ᠶᠢᠨ ᠱᠤᠭᠤᠮ ᠳᠠᠭᠠᠤ᠂ ᠬᠤᠰᠢᠭᠤ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠬᠠᠮᠲᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠬᠤᠳᠠ ᠶᠢᠨ ᠳᠡᠳ᠋ ᠳᠠᠷᠤᠭ᠎ᠠ ᠵᠤᠤ ᠴᠦᠨ ᠢᠦᠢ᠂ ᠵᠢᠷᠤᠮᠲᠤ ᠣᠷᠣᠯᠴᠠᠪᠠ᠃      ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠠ ᠬᠠᠲᠤᠨ ᠭᠤᠣᠯ ᠤᠨ ᠤᠰᠤ ᠶᠢ ᠰᠢᠨᠵᠢᠯᠡᠬᠦ ᠤᠬᠠᠭᠠᠨᠴᠢ ᠪᠠᠷ ᠲᠠᠲᠠᠵᠤ ᠬᠡᠷᠡᠭᠯᠡᠬᠦ ᠪᠣᠯ ᠢᠦᠢ ᠬᠠᠢ ᠢᠦᠢ ᠶᠢᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ ᠪᠣᠯᠣᠨ᠎ᠠ᠃ ᠭᠤᠣᠯ ᠬᠤᠲᠠ ᠲᠣᠭᠤᠷᠢᠭ ᠲᠤ ᠬᠠᠲᠤᠨ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ᠂ ᠬᠠᠩᠭᠢᠨᠨᠠᠭᠤᠷ ᠤᠨ ᠦᠶᠡᠷ ᠬᠤᠷᠠᠭᠤᠯᠬᠤ ᠦᠶᠡᠷ ᠢ ᠲᠣᠭᠲᠠᠭᠠᠬᠤ ᠣᠷᠣᠨ᠂ ᠮᠧᠩ ᠰᠢ ᠪᠠᠯᠭᠠᠰᠤᠨ ᠤ ᠬᠠᠲᠤᠨ ᠭᠤᠣᠯ ᠤᠨ ᠤᠰᠤ ᠲᠠᠲᠠᠬᠤ ᠠᠮᠠᠰᠠᠷ᠂ ᠪᠠᠢ ᠨᠢ ᠵᠢᠩ ᠪᠠᠯᠭᠠᠰᠤᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠵᠡᠷᠭᠡ ᠲᠤᠬᠠᠢ ᠶᠢᠨ ᠲᠠᠯᠠᠪᠠᠶ ᠳᠤ᠂ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠵᠢ ᠭᠤᠣᠯ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃      ᠢᠦᠢ ᠬᠠᠢ ᠢᠦᠢ ︽ᠠᠷᠪᠠᠨ ᠶᠡᠭᠡ ᠬᠥᠨᠳᠡᠢ︾᠎ ᠶᠢᠨ ᠵᠠᠰᠠᠯᠲᠠ ᠶᠢ ᠲᠤᠶᠢᠯ ᠢᠶᠠᠷ ᠠᠩᠬᠠᠷᠴᠤ᠂ ᠬᠠᠷᠠᠢ ᠭᠤᠣᠯ ᠤᠨ  ᠰᠠᠪᠠ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠬᠤᠰᠢᠭᠤ ᠲᠣᠭᠤᠷᠢᠭ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠥᠨᠳᠥᠷ ᠪᠠᠷᠢᠮᠵᠢᠶ᠎ᠠ ᠪᠠᠷ ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ ᠵᠠᠰᠠᠯᠲᠠ ᠪᠣᠯᠣᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠠᠮᠢ ᠠᠬᠤᠢ + ᠰᠣᠶᠣᠯ ᠵᠤᠭᠠᠴᠠᠯ + ᠠᠵᠤ ᠠᠬᠤᠢ ᠶᠢᠨ ᠤᠢ︾᠎ ᠶᠢ ᠠᠭᠤᠰᠤᠯᠴᠠᠭᠤᠯᠤᠨ ᠬᠥᠭᠵᠢᠭᠦᠯᠬᠦ ᠬᠡᠪ ᠵᠠᠭᠪᠤᠷ ᠢ ᠡᠭᠦᠳᠬᠦ ᠬᠡᠷᠡᠭᠲᠡᠢ ᠭᠡᠪᠡ᠃      ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠭᠤᠣᠯ ᠤᠨ ᠵᠠᠮ ᠢ ᠡᠵᠡᠯᠡᠭᠡᠳ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠳᠤ ᠨᠥᠯᠦᠭᠡ ᠪᠣᠯᠳᠠᠭ᠃ ᠶᠢᠨ ᠶᠦᠨ ᠨᠡᠭᠦᠷᠡᠰᠦᠨ ᠠᠭᠤᠷᠬᠠᠢ᠂ ᠯᠢᠶᠠᠨ ᠴᠤᠸᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠢ ᠳ᠋ᠧ ᠴᠣᠬᠤᠢ ᠶᠢᠨ ᠴᠢᠯᠠᠭᠤᠨ ᠠᠭᠤᠷᠬᠠᠢ᠂ ᠡᠷᠬᠡᠲᠦ ᠨᠡᠭᠦᠷᠡᠰᠦᠨ ᠠᠭᠤᠷᠬᠠᠢ ᠵᠡᠷᠭᠡ ᠠᠰᠠᠭᠤᠳᠠᠯᠲᠤ ᠲᠤᠬᠠᠢ ᠶᠢᠨ ᠲᠠᠯᠠᠪᠠᠢ ᠳᠤ᠂ ᠢᠦᠢ ᠬᠠᠢ ᠢᠦᠢ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠠᠰᠠᠭᠤᠳᠠᠯ ᠢ ᠬᠤᠭᠤᠴᠠᠭ᠎ᠠ ᠬᠢᠵᠠᠭᠠᠷᠯᠠᠨ ᠴᠢᠨᠠᠷ ᠰᠠᠶᠢᠲᠠᠢ ᠬᠠᠯᠠᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠢᠦᠢ ᠬᠠᠢ ᠢᠦᠢ ᠪᠠᠰᠠ ᠪᠦᠷᠢᠶ᠎ᠡ ᠮᠠᠩᠬᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠦᠷᠴᠦ᠂ ᠵᠤᠭᠠᠴᠠᠭᠰᠠᠳ ᠢ ᠬᠦᠯᠢᠶᠡᠨ ᠠᠪᠬᠤ ᠦᠢᠯᠡᠴᠢᠯᠡᠭᠡ ᠪᠣᠯᠣᠨ ᠦᠵᠡᠮᠵᠢ ᠶᠢᠨ ᠣᠷᠣᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠪᠠ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠂ ᠨᠠᠢᠮᠠᠳᠠᠢ ᠲᠣᠰᠬᠤᠨ ᠤ ᠨᠠᠮ ᠤᠨ ᠡᠭᠦᠷ ᠤᠨ ᠱᠦᠵᠢ ᠮᠧᠢ ᠸᠠᠩ ᠢ ᠡᠷᠬᠢᠨ ᠦᠵᠡᠵᠦ ᠲᠣᠬᠤᠨᠢᠭᠤᠯᠵᠤ᠂ ᠲᠠᠰᠢᠷᠠᠮ ᠢᠶᠠᠷ ᠡᠷᠦᠭᠡ ᠳᠤ ᠬᠦᠷᠴᠦ ᠰᠤᠷᠪᠤᠯᠵᠢᠯᠠᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠤᠷᠲᠤᠳᠬᠠᠨ ᠳᠠᠭᠠᠭᠠᠴᠢᠯᠠᠭᠤᠯᠬᠤ ᠲᠤᠷᠰᠢᠯᠲᠠ ᠶᠢᠨ ᠴᠡᠭ ᠤᠨ ᠠᠵᠢᠯ ᠪᠣᠯᠣᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠬᠢᠨᠠᠨ ᠵᠢᠯᠤᠭᠤᠳᠴᠤ ᠠᠬᠢᠭᠤᠯᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ