5 ᠰᠠᠷ᠎ᠠ ᠶᠢᠨ 8 ᠤ ᠡᠳᠤᠷ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠭᠦᠮᠲᠠᠨ ᠲᠡᠮᠡᠴᠡᠵᠤ᠂ ᠲᠤᠮᠳᠠᠲᠤ ᠶᠢᠨ ᠦᠨᠳᠣᠰᠣᠳᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾2025 ᠣᠨ ᠤ ᠪᠥᠬᠦ ᠬᠤᠲᠠ ᠶᠢᠨ ︽ᠦᠨᠳᠦᠰᠣᠲᠠᠨ ᠤ ᠲᠥᠷᠤ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠬᠢᠶ᠎ᠡ ᠪᠠᠭᠰᠢ ᠲᠣᠭᠤᠷᠢᠭ ᠲᠤ ᠪᠣᠯᠣᠯ᠎ᠠ᠃ | ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠲᠤ ᠶᠢᠨ ᠦᠨᠳᠣᠰᠣᠲᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ | ᠬᠦᠮᠤᠵᠢᠯ ᠦᠢᠯᠡᠳᠤᠯᠭᠡ ᠶᠢᠨ ᠰᠠᠭᠤᠷᠢᠨ ᠭᠠᠵᠠᠷ᠂ ᠥᠪᠣᠷ ᠮᠣᠩᠭᠤᠯ ᠤᠨ ᠨᠡᠶᠢᠭᠡᠮ ᠵᠢᠷᠤᠮ ᠤᠨ ᠳᠡᠭᠡᠲᠣ ᠰᠤᠷᠭᠠᠭᠤᠯᠢ ᠶᠢᠨ ᠠᠩᠬᠠᠳᠠᠭᠴᠢ ᠪᠦᠯᠦᠭ ᠳᠤᠮᠳᠠᠲᠤ ᠶᠢᠨ | ᠦᠨᠳᠣᠰᠣᠲᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠢᠯᠡᠳᠤᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠪᠠ ᠲᠤᠬᠠᠢ ᠶᠢᠨ | ᠲᠠᠯᠠᠪᠠᠢ ᠶᠢᠨ ᠵᠢᠭᠠᠨ ᠰᠤᠷᠭᠠᠯᠲᠠ ᠶᠢᠨ ᠴᠡᠭ ᠪᠠᠶᠢᠭᠤᠯᠭ᠎ᠠ ᠳᠤ ᠫᠠᠶᠢᠰᠠ ᠣᠯᠭᠤᠵᠤ᠂ ᠰᠢᠯᠢᠳᠡᠭ ᠤᠬᠠᠭᠤᠯᠤᠨ ᠲᠠᠶᠢᠯᠪᠤᠷᠢᠯᠠᠭᠴᠢ ᠳᠤ ᠱᠠᠩᠨᠠᠯ ᠤᠯᠭᠤᠪᠠ᠃ | ᠲᠤᠬᠠᠢ ᠶᠢᠨ ᠳᠠᠯᠠᠪᠤᠷ ᠲᠤ ᠪᠠᠰᠠ ᠳᠤᠯᠠᠭᠠᠨ ᠬᠤᠲᠠ ᠶᠢᠨ ᠦᠨᠳᠦᠰᠣᠲᠠᠨ ᠤ ᠪᠦᠯᠬᠦᠮᠳᠡᠯ ᠤᠨ ᠦᠯᠢᠭᠡᠷ 2025 ᠣᠨ ᠤ ᠣᠷᠳᠤᠰ ᠬᠤᠲᠠ ᠶᠢᠨ ᠰᠦᠯᠵᠢᠶᠡᠨ ᠤ | ᠵᠠᠭᠤᠴᠢᠯᠠᠭᠤᠷ ᠤᠨ ᠠᠶᠠᠯᠠᠯ ᠤᠨ ᠠᠵᠢᠯᠯᠠᠭ᠎ᠠ ᠶᠢᠨ ᠡᠬᠢᠯᠡᠯᠲᠠ ᠶᠢᠨ ᠶᠣᠰᠣᠯᠠᠯ ᠶᠠᠪᠤᠭᠳᠠᠪᠠ᠃ | | | |